Та "Internet explorer"-ийн сүүлийн хувилбар болох "Microsoft edge"-г ашиглана уу

Хэрэв "Microsoft edge"-г татах бол энд дарж татаж авна уу

MN EN

ᠤᠷᠬᠤᠨ ᠤ ᠬᠢᠨ ᠰᠤᠷᠤᠭᠴᠢᠳ ᠤᠨ ᠦᠳᠡ ᠶᠢᠨ ᠬᠣᠭᠣᠯᠠᠨ ᠤ ᠵᠠᠷᠤᠳᠠᠯ ᠢ ᠨᠡᠮᠡᠨ᠎ᠡ

ᠵᠠᠷᠯᠠᠯ ᠮᠡᠳᠡᢉᠡᠯᠡᠯ ᠦᠢᠯᠡ ᠶᠠᠪᠤᠳᠠᠯ ᠤᠨ ᠮᠡᠳᠡᠭᠡ

ᠨᠡᠢᠢᠲᠡᠯᠡᠯᠴᠢ ᠨᠢ᠄ admin | ᠨᠡᠢᠢᠲᠡᠯᠡᠭᠰᠡᠨ ᠣᠭᠨᠣ᠄ 2024-03-11 07:38:38 |

ᠦᠵᠡᠭᠰᠡᠨ ᢉᠡᠷᠡᠭᠯᠡᠭᠴᠢ: 110


ᠤᠷᠬᠤᠨ ᠤ ᠬᠢᠨ ᠰᠤᠷᠤᠭᠴᠢᠳ ᠤᠨ ᠦᠳᠡ ᠶᠢᠨ ᠬᠣᠭᠣᠯᠠᠨ ᠤ ᠵᠠᠷᠤᠳᠠᠯ ᠢ ᠨᠡᠮᠡᠨ᠎ᠡ

ᠮᠣᠩᠭᠣᠯ ᠤᠯᠤᠰ  ᠨᠢ ᠨᠢᠭᠡ ᠡᠴᠡ ᠲᠠᠪᠤᠳᠤᠭᠠᠷ ᠠᠩᠬᠢ ᠶᠢᠨ ᠰᠤᠷᠤᠭᠴᠢᠳ ᠤᠨ ᠦᠳᠡ ᠶᠢᠨ ᠬᠣᠭᠣᠯᠠᠨ ᠳᠤ ᠡᠳᠦᠷ ᠲᠦ 1500 ᠲᠥᠭᠥᠷᠢᠭ ᠵᠠᠷᠤᠴᠠᠭᠤᠯᠳᠠᠭ ᠪᠥᠭᠡᠳ ᠡᠨᠡ ᠨᠢ 350-450 ᠺᠢᠯᠣᠺᠠᠯᠣᠷᠢ  ᠶᠢᠨ ᠢᠯᠴᠢᠯᠢᠭ ᠲᠡᠢ ᠶᠤᠮ᠃ ᠡᠳᠦᠷ ᠦᠨ ᠬᠣᠭᠣᠯᠠ ᠶᠢ 2884 ᠲᠥᠭᠦᠷᠢᠭ᠂ ᠢᠯᠴᠢᠯᠢᠭ ᠢ 650-800 ᠺᠢᠯᠣᠺᠠᠯᠣᠷᠢ ᠪᠣᠯᠭᠠᠵᠤ  ᠨᠡᠮᠡᠭᠳᠡᠭᠦᠯᠪᠡᠯ ᠰᠤᠷᠤᠭᠴᠢᠳ ᠤᠨ ᠦᠰᠦᠯᠲᠡ᠂ ᠣᠢ ᠲᠣᠭᠲᠠᠭᠠᠯᠲᠠ᠂ ᠪᠡᠶ᠎ᠡ ᠪᠢᠯᠳᠠᠷ ᠤᠨ ᠬᠥᠭᠵᠢᠯ  ᠳᠦ ᠰᠠᠶᠢᠨ ᠢᠶᠠᠷ ᠨᠥᠯᠦᠭᠡᠯᠡᠨ᠎ᠡ ᠭᠡᠵᠦ  ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠦᠵᠡᠵᠦ ᠪᠠᠶᠢᠨ᠎ᠠ᠃ 

ᠣᠷᠬᠣᠨ ᠠᠶᠢᠮᠠᠭ ᠲᠤ ᠲᠥᠷᠥ ᠶᠢᠨ ᠥᠮᠴᠢ ᠶᠢᠨ 17 ᠰᠤᠷᠭᠠᠭᠤᠯᠢ ᠳᠤ ᠨᠢᠭᠡ ᠡᠴᠡ ᠲᠠᠪᠤᠳᠤᠭᠠᠷ ᠠᠩᠭᠢ ᠳᠤ 11020 ᠬᠡᠦᠬᠡᠳ ᠰᠤᠷᠳᠠᠭ ᠪᠥᠭᠡᠳ ᠡᠳᠡᠭᠡᠷ ᠰᠤᠷᠤᠭᠴᠢᠳ ᠤᠨ ᠦᠳᠡ ᠶᠢᠨ ᠬᠣᠭᠣᠯᠠᠨ ᠤ ᠨᠡᠮᠡᠭᠳᠡᠯ ᠮᠥᠩᠭᠥ ᠶᠢ ᠣᠷᠬᠣᠨ ᠠᠶᠢᠮᠠᠭ᠂《ᠡᠷᠳᠡᠨᠢᠲᠦ》 ᠦᠢᠯᠡᠳᠪᠦᠷᠢ ᠶᠢᠨ ᠬᠠᠮᠲᠤ ᠶᠢᠨ ᠠᠵᠢᠯᠯᠠᠭᠠᠨ ᠤ ᠰᠠᠩᠬᠦᠦᠵᠢᠯᠲᠡ ᠡᠴᠡ ᠰᠢᠢᠳᠪᠦᠷᠢᠯᠡᠬᠦ  ᠪᠠᠷ ᠠᠵᠢᠯᠯᠠᠵᠤ ᠪᠠᠶᠢᠨ᠎ᠠ᠃

ᠪᠤᠴᠠᠬᠤ