Та "Internet explorer"-ийн сүүлийн хувилбар болох "Microsoft edge"-г ашиглана уу

Хэрэв "Microsoft edge"-г татах бол энд дарж татаж авна уу

MN EN

ᠡᠬᠡ ᠬᠡᠯᠡ ᠪᠡᠨ ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠵᠠᠷᠯᠠᠯ ᠮᠡᠳᠡᢉᠡᠯᠡᠯ ᠦᠢᠯᠡ ᠶᠠᠪᠤᠳᠠᠯ ᠤᠨ ᠮᠡᠳᠡᠭᠡ

ᠨᠡᠢᠢᠲᠡᠯᠡᠯᠴᠢ ᠨᠢ᠄ admin | ᠨᠡᠢᠢᠲᠡᠯᠡᠭᠰᠡᠨ ᠣᠭᠨᠣ᠄ 2021-07-07 18:30:00 |

ᠦᠵᠡᠭᠰᠡᠨ ᢉᠡᠷᠡᠭᠯᠡᠭᠴᠢ: 27


ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠡᠮᠦᠨᠡᠲᠦ ᠮᠣᠩᠭᠣᠯ (ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ) ᠳᠦ ᠶᠢᠰᠦᠳᠦᠭᠡᠷ ᠰᠠᠷ᠎ᠠ ᠠᠴᠠ ᠨᠢᠭᠡᠨᠲᠡ ᠮᠣᠩᠭᠣᠯ ᠬᠡᠯᠡ ᠪᠡᠷ ᠬᠢᠴᠢᠶᠡᠯᠯᠡᠳᠡᠭ ᠪᠦᠬᠦ ᠰᠤᠷᠭᠠᠭᠤᠯᠢ ᠳᠤ ᠮᠣᠩᠭᠣᠯ ᠬᠡᠯᠡ ᠪᠡᠷ ᠬᠢᠴᠢᠶᠡᠯᠯᠡᠳᠡᠭ ᠢ ᠨᠢ ᠵᠣᠭᠰᠣᠭᠠᠨ᠂ ᠣᠷᠣᠨ ᠳᠤ ᠨᠢ ᠬᠢᠲᠠᠳ ᠬᠡᠯᠡ ᠪᠡᠷ ᠬᠢᠴᠢᠶᠡᠯᠯᠡᠬᠦ ᠪᠣᠯᠣᠭᠰᠠᠨ ᠪᠠᠶᠢᠨ᠎ᠠ᠃

ᠬᠢᠲᠠᠳ ᠤᠨ ᠵᠠᠰᠠᠭ ᠤᠨ ᠡᠨᠡ ᠬᠦ ᠪᠣᠳᠣᠯᠭ᠎ᠠ ᠶᠢ ᠡᠰᠡᠷᠭᠦᠴᠡᠵᠦ᠂ ᠦᠨᠥ ᠵᠢᠯ ᠦᠨ4 ᠳ᠋ᠦ᠋ᠭᠡᠷ ᠰᠠᠷ᠎ᠠ  ᠶᠢᠨ16 ᠡᠴᠡ ᠡᠬᠢᠯᠡᠨ᠂ ᠬᠢᠯᠢ ᠶᠢᠨ ᠭᠠᠳᠠᠨᠠᠬᠢ ᠬᠠᠯᠠᠭᠤᠨ ᠰᠡᠳᠬᠢᠯᠲᠦ ᠮᠣᠩᠭᠣᠯᠴᠣᠳ<<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠪᠠᠢᠭᠤᠯᠤᠨ᠂ ᠭᠠᠷ ᠤᠨ ᠦᠰᠦᠭ ᠴᠤᠭᠯᠠᠭᠤᠯᠬᠤ ᠬᠦᠳᠡᠯᠭᠡᠭᠡᠨ ᠦᠷᠨᠢᠭᠦᠯᠦᠨ ᠶᠠᠪᠤᠭᠳᠠᠭᠤᠯᠵᠤ ᠪᠠᠢᠨ᠎ᠠ᠃

ᠭᠣᠣᠯ ᠵᠣᠷᠢᠯᠭ᠎ᠠ ᠨᠢ᠂ ᠬᠢᠲᠠᠳ ᠤᠨ ᠵᠠᠰᠠᠭ ᠤᠨ ᠭᠠᠵᠠᠷ ᠠᠴᠠ ᠡᠮᠦᠨᠡᠲᠦ ᠮᠣᠩᠭᠣᠯ ᠳᠤ ᠶᠠᠪᠤᠭᠳᠠᠭᠤᠯᠵᠤ ᠪᠤᠢ ᠮᠣᠩᠭᠣᠯ ᠬᠡᠦᠬᠡᠳ ᠦᠨ ᠡᠬᠡ ᠬᠡᠯᠡ ᠪᠡᠷ ᠢᠶᠡᠨ ᠰᠤᠷᠬᠤ ᠡᠷᠬᠡ ᠶᠢ ᠤᠤᠯᠭᠠᠯᠠᠵᠤ ᠪᠠᠢᠭ᠎ᠠ ᠬᠦᠮᠦᠨ ᠦ ᠡᠷᠬᠡ ᠶᠢ ᠤᠯᠠ ᠳᠣᠣᠷ᠎ᠠ ᠪᠠᠨ ᠬᠢᠰᠬᠢᠭ᠍ᠰᠡᠨ ᠠᠵᠢᠯᠯᠠᠭ᠎ᠠ ᠶᠢ ᠢᠯᠡᠴᠢᠯᠡᠨ ᠲᠠᠨᠢᠭᠤᠯᠬᠤ ᠠᠰᠠᠭᠤᠳᠠᠯ ᠪᠣᠯᠣᠨ᠎ᠠ᠃ ᠡᠭᠦᠨ ᠳᠦ ᠶᠠᠫᠣᠨ ᠤᠯᠤᠰ ᠨᠢ ᠲᠤᠰ ᠵᠢᠯ<< ᠶᠡᠬᠡ 7 ᠤᠯᠤᠰ>> ᠢ ᠳᠠᠷᠤᠭᠠᠯᠠᠵᠤ ᠪᠠᠶᠢᠬᠤ ᠶᠢᠨ ᠬᠤᠪᠢ ᠳᠤ ᠳᠡᠯᠡᠬᠡᠢ ᠶᠢᠨ ᠠᠷᠠᠳᠴᠢᠯᠠᠯ᠂ ᠬᠦᠮᠦᠨ ᠦ ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠶᠢᠨ ᠲᠥᠯᠥᠭᠡᠬᠢ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ ᠲᠤ ᠬᠣᠷᠢᠭ ᠠᠷᠭ᠎ᠠ ᠬᠡᠮᠵᠢᠶ᠎ᠡ ᠠᠪᠬᠤᠯᠭᠤᠬᠤ ᠪᠠᠷ ᠤᠷᠢᠶᠠᠯᠠᠨ᠂ ᠴᠤᠭᠯᠠᠭᠤᠯᠤᠭᠰᠠᠨ ᠭᠠᠷ ᠤᠨ ᠦᠰᠦᠭ ᠢᠶᠡᠨ ᠶᠠᠫᠣᠨ ᠤ ᠵᠠᠰᠠᠭ ᠤᠨ ᠭᠠᠵᠠᠷ ᠳᠦ ᠥᠭᠬᠦ ᠪᠣᠯᠣᠭᠰᠠᠨ ᠪᠠᠢᠨ᠎ᠠ᠃

ᠮᠠᠨ ᠤ ᠡᠮᠦᠨᠡᠲᠦ ᠮᠣᠩᠭᠣᠯ ᠤᠨ ᠶᠡᠬᠡ ᠬᠤᠷᠠᠯᠳᠠᠢ ᠴᠤ <<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠦᠨ ᠦᠢᠯᠡ ᠠᠵᠢᠯᠯᠠᠭ᠎ᠠ ᠶᠢ ᠲᠠᠯᠠᠷᠬᠠᠨ ᠳᠡᠮᠵᠢᠵᠦ ᠂ ᠳᠡᠯᠡᠬᠡᠢ ᠳᠠᠶᠠᠭᠠᠷ ᠲᠠᠷᠬᠠᠨ ᠠᠮᠢᠳᠤᠷᠠᠵᠤ ᠪᠠᠢᠭ᠎ᠠ ᠡᠯᠢᠭᠡ ᠨᠢᠭᠡᠲᠡᠢ ᠮᠣᠩᠭᠣᠯᠴᠤᠳ ᠤᠨ ᠢᠶᠠᠨ ᠭᠠᠷ ᠤᠨ ᠦᠰᠦᠭ ᠵᠢᠷᠤᠬᠤ ᠶᠢ ᠤᠷᠢᠶᠠᠯᠠᠵᠤ ᠪᠠᠶᠢᠨ᠎ᠠ ᠃ ᠮᠦᠨ ᠰᠢᠳᠤᠷᠭᠤ ᠶᠣᠰᠣ ᠶᠢ ᠳᠡᠭᠡᠳᠦᠯᠡᠳᠡᠭ ᠬᠦᠮᠦᠨ ᠪᠦᠬᠦᠨ ᠮᠠᠨ ᠤ ᠡᠬᠡ ᠬᠡᠯᠡᠨ ᠢᠶᠡᠨ ᠬᠠᠮᠠᠭᠠᠯᠠᠬᠤ ᠬᠦᠳᠡᠯᠭᠡᠭᠡᠨ ᠳᠦ ᠳᠡᠮᠵᠢᠨ ᠣᠷᠣᠯᠴᠠᠬᠤ ᠬᠦᠰᠡᠵᠦ ᠪᠠᠢᠨ᠎ᠠ᠃

ᠣᠯᠠᠨ ᠤ ᠬᠦᠴᠦᠨ ᠳᠦ ᠣᠪᠣᠭ᠎ᠠ ᠬᠦᠳᠡᠯᠦᠨ᠎ᠡ ᠭᠡᠳᠡᠭ᠂ ᠲᠠᠨ ᠤ ᠨᠢᠭᠡ ᠬᠦᠮᠦᠨ  ᠤ ᠵᠢᠷᠤᠭᠰᠠᠨ ᠭᠠᠷ ᠤᠨ ᠦᠰᠦᠭ ᠴᠢᠨᠢ ᠡᠮᠦᠨᠡᠲᠦ ᠮᠣᠩᠭᠣᠯᠴᠤᠳ ᠤᠨ ᠢᠷᠡᠭᠡᠳᠦᠢ ᠶᠢᠨ ᠬᠤᠪᠢ ᠵᠠᠶᠠᠭ᠎ᠠ ᠥᠭᠡᠷᠡᠴᠢᠯᠡᠬᠦ ᠴᠢᠬᠤᠯᠠ ᠨᠢᠭᠡᠨ ᠠᠯᠬᠤᠮ ᠪᠣᠯᠣᠨ᠎ᠠ ᠭᠡᠳᠡᠭ ᠢ ᠢᠲᠡᠭᠡᠷᠡᠢ᠂ ᠮᠣᠩᠭᠣᠯᠴᠣᠳ ᠡ᠃

ᠳᠠᠷᠠᠭᠠᠬᠢ ᠳᠠᠭᠠᠯᠳᠤᠭᠤᠯᠵᠤ ᠪᠠᠢᠭ᠎ᠠ ᠨᠢ<<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠦᠨ ᠤᠷᠢᠶᠠᠯᠠᠭ᠎ᠠ ᠶᠢᠨ ᠪᠢᠴᠢᠭ ᠪᠣᠯᠣᠨ ᠶᠠᠫᠣᠨ ᠤ ᠵᠠᠰᠠᠭ ᠤᠨ ᠭᠠᠵᠠᠷ ᠤᠨ ᠲᠡᠷᠢᠭᠦᠨ ᠰᠠᠢᠳ ᠺᠢᠰᠢᠳᠠ ᠹᠦᠮᠢᠡᠤ᠋ ᠳᠤ ᠥᠭᠬᠦ ᠪᠢᠴᠢᠭ ᠪᠣᠯᠣᠨ᠎ᠠ᠃

ᠪᠤᠴᠠᠬᠤ